ᠮᠣᠩᠭᠣᠯ ᠪᠢᠴᠢᠭ ᠬᠢᠲᠠᠳ
ᠠᠩᠭᠯᠢ
ᠶᠠᠫᠣᠨ
ᠪᠤᠴᠠᠬᠤ

ᠲᠣᠣᠷ ᠰᠦᠯᠵᠢᠶ᠎ᠡ

-

ᠴᠠᠬᠢᠯᠭᠠᠨ ᠭᠡᠭᠴᠢ ᠬᠠᠴᠢᠨ ᠵᠢᠭᠲᠡᠢ ᠶᠠᠭᠤᠮ᠎ᠠ ᠬᠥᠮᠦᠨ ᠲᠥᠷᠦᠯᠬᠢᠲᠡᠨ᠎ᠳᠦ ᠠᠰᠢᠭᠯᠠᠭᠳᠠᠵᠤ᠂ ᠪᠥᠮᠪᠦᠷᠴᠡᠭ᠎ᠦᠨ ᠪᠦᠷᠬᠦᠭ ᠬᠠᠷᠠᠩᠭᠤᠢ᠎ᠶᠢ ᠭᠡᠢᠭᠦᠯᠵᠦ᠂ ᠦᠢᠯᠡᠳᠪᠦᠷᠢᠯᠡᠯ᠎ᠪᠠ ᠨᠡᠢᠭᠡᠮ᠎ᠦᠨ ᠬᠥᠭᠵᠢᠯᠲᠡ᠎ᠶᠢ ᠨᠢᠰᠬᠦ ᠮᠡᠲᠦ ᠠᠬᠢᠭᠤᠯᠤᠨ᠂ ᠬᠥᠮᠦᠨ ᠲᠥᠷᠦᠯᠬᠢᠲᠡᠨ᠎ᠢ ᠴᠠᠬᠢᠯᠭᠠᠨᠵᠢᠯᠲᠠ᠎ᠶᠢᠨ ᠴᠠᠭ ᠦᠶ᠎ᠡ᠎ᠳᠦ ᠣᠷᠤᠭᠤᠯᠤᠭᠠᠳ 150 ᠭᠠᠷᠤᠢ ᠵᠢᠯ ᠪᠣᠯᠵᠤ ᠪᠠᠢᠨ᠎ᠠ᠃ ᠣᠳᠣ ᠬᠥᠮᠦᠨ ᠲᠥᠷᠦᠯᠬᠢᠲᠡᠨ ᠶᠠᠭ ᠰᠤᠷᠠᠭ ᠵᠠᠩᠭᠢᠴᠢᠯᠠᠭᠰᠠᠨ ᠴᠠᠭ ᠦᠶ᠎ᠡ᠎ᠳᠦ ᠣᠷᠤᠵᠤ᠂ ᠲᠣᠣᠷ ᠰᠦᠯᠵᠢᠶᠡᠲᠦ ᠨᠡᠢᠭᠡᠮ᠎ᠳᠦ ᠰᠢᠯᠵᠢᠨ᠂ ᠰᠢᠨ᠎ᠡ ᠪᠣᠯᠪᠠᠰᠤᠨ ᠵᠦᠭ ᠳᠠᠪᠰᠢᠵᠤ ᠪᠠᠢᠨ᠎ᠠ᠃

ᠺᠣᠮᠫᠢᠦ᠋ᠲᠧᠷ᠂ ᠴᠢᠮᠡᠭᠡ ᠬᠣᠯᠪᠤᠭ᠎ᠠ᠎ᠪᠠ ᠰᠤᠷᠠᠭ ᠵᠠᠩᠭᠢ᠎ᠶᠢᠨ ᠮᠡᠷᠭᠡᠵᠢᠯ᠎ᠢᠶᠡᠷ ᠲᠤᠯᠭᠠᠭᠤᠷᠢ᠎ᠪᠠᠨ ᠪᠣᠯᠭᠠᠭᠰᠠᠨ ᠲᠣᠣᠷ ᠰᠦᠯᠵᠢᠶ᠎ᠡ᠎ᠨᠢ ᠢᠷᠡᠭᠡᠳᠦᠢ᠎ᠶᠢᠨ ᠨᠡᠢᠭᠡᠮ᠎ᠦᠨ ᠬᠣᠯᠪᠤᠭᠠᠰᠤ ᠪᠣᠯᠤᠨ᠎ᠠ᠃ ᠡᠨᠡ ᠵᠦᠢᠯ᠎ᠦᠨ ᠲᠣᠣᠷ ᠰᠦᠯᠵᠢᠶ᠎ᠡ ᠳᠡᠯᠡᠬᠡᠢ᠎ᠶᠢᠨ ᠣᠯᠠᠨ ᠤᠯᠤᠰ ᠣᠷᠤᠨ᠎ᠢ ᠨᠢᠭᠡ᠎ᠯᠡ ᠴᠣᠭᠴᠠᠰ ᠪᠣᠯᠭᠠᠵᠤ᠂ ᠳᠡᠯᠡᠬᠡᠢ᠎ᠶᠢᠨ ᠪᠥᠮᠪᠦᠷᠴᠡᠭ « ᠨᠢᠭᠡ᠎ᠯᠡ ᠲᠣᠰᠭᠤᠨ »᠎ᠰᠢᠭ ᠪᠣᠯᠵᠤ᠂ ᠬᠥᠮᠦᠨ ᠲᠥᠷᠥᠬᠢᠯᠲᠡᠨ᠎ᠢ ᠬᠠᠮᠲᠤ᠎ᠪᠠᠷ ᠬᠥᠭᠵᠢᠭᠦᠯᠦᠨ᠎ᠡ᠃ ᠪᠦᠬᠦ ᠪᠥᠮᠪᠦᠷᠴᠡᠭ᠎ᠦᠨ ᠲᠣᠣᠷ ᠰᠦᠯᠵᠢᠶ᠎ᠡ᠎ᠶᠢᠨ ᠰᠢᠰᠲᠧᠮ᠎ᠨᠢ ᠡᠳᠦᠷ ᠢᠷᠡᠬᠦᠶ᠎ᠡ ᠨᠡᠮᠡᠭᠳᠡᠵᠦ ᠪᠦᠬᠦᠢ ᠲᠣᠭ᠎ᠠ ᠪᠠᠷᠢᠮᠲᠠ᠂ ᠰᠤᠷᠠᠭ᠎ᠪᠠ ᠮᠡᠳᠡᠯᠭᠡ ᠮᠡᠳᠡᠴᠡ᠎ᠶᠢ ᠨᠡᠩ ᠲᠦᠷᠭᠡᠨ᠎ᠢᠶᠡᠷ ᠤᠯᠠᠮᠵᠢᠯᠠᠨ ᠰᠢᠢᠳᠪᠦᠷᠢᠯᠡᠬᠦ ᠪᠣᠯᠤᠨ᠎ᠠ᠃ ᠬᠥᠮᠦᠨ ᠲᠥᠷᠦᠯᠬᠢᠲᠡᠨ᠎ᠦ ᠨᠡᠢᠭᠡᠮ᠎ᠳᠦ ᠠᠪᠴᠤ ᠬᠡᠯᠡᠪᠡᠯ ᠡᠨᠡ ᠪᠣᠯ ᠤᠷᠢᠳ ᠡᠮᠦᠨ᠎ᠡ ᠭᠠᠷᠤᠭ᠎ᠠ᠎ᠦᠭᠡᠢ ᠰᠢᠨᠵᠢᠯᠡᠬᠦ ᠤᠬᠠᠭᠠᠨ ᠮᠡᠷᠭᠡᠵᠢᠯ᠎ᠦᠨ ᠬᠤᠪᠢᠰᠭᠠᠯ ᠮᠥᠨ᠃ ᠬᠥᠮᠦᠰ᠎ᠦᠨ ᠦᠢᠯᠡᠳᠪᠦᠷᠢᠯᠡᠯ᠎ᠦᠨ ᠠᠷᠭ᠎ᠠ ᠮᠠᠶᠢᠭ᠂ ᠠᠵᠢᠯ᠎ᠤᠨ ᠠᠷᠭ᠎ᠠ ᠮᠠᠶᠢᠭ᠂ ᠠᠮᠢᠳᠤᠷᠠᠯ᠎ᠤᠨ ᠠᠷᠭ᠎ᠠ ᠮᠠᠶᠢᠭ᠎ᠪᠠ ᠥᠷᠢᠰᠦᠯᠳᠦᠨ ᠲᠡᠮᠡᠴᠡᠬᠦ ᠠᠷᠭ᠎ᠠ ᠮᠠᠶᠢᠭ᠎ᠢ ᠨᠣᠴᠢᠲᠠᠢ ᠨᠥᠯᠦᠭᠡᠯᠡᠬᠦ ᠪᠣᠯᠤᠨ᠎ᠠ᠃

ᠲᠣᠣᠷ ᠰᠦᠯᠵᠢᠶ᠎ᠡ ᠭᠡᠳᠡᠭ᠎ᠢ ᠳᠥᠭᠦᠮ᠎ᠢᠶᠡᠷ ᠬᠡᠯᠡᠪᠡᠯ ᠲᠣᠭ᠎ᠠ ᠲᠣᠮᠰᠢ᠎ᠦᠭᠡᠢ ᠣᠯᠠᠨ ᠺᠤᠮᠫᠢᠦ᠋ᠲᠧᠷ᠎ᠢ ᠬᠣᠭᠤᠷᠤᠨᠳᠤ᠎ᠨᠢ ᠬᠣᠯᠪᠤᠵᠤ ᠲᠠᠯᠪᠢᠬᠤ᠎ᠶᠢ ᠬᠡᠯᠡᠨ᠎ᠡ᠃ ᠪᠠᠢᠭᠤᠯᠭ᠎ᠠ ᠨᠢᠭᠡᠴᠢ᠂ ᠣᠷᠤᠨ᠎ᠤ ᠳᠣᠲᠤᠷ᠎ᠠ᠂ ᠤᠯᠤᠰ᠎ᠤᠨ ᠳᠣᠲᠤᠷ᠎ᠠ᠂ ᠴᠢᠨᠠᠭᠰᠢᠯᠠᠪᠠᠯ ᠳᠡᠯᠡᠬᠡᠢ᠎ᠶᠢᠨ ᠣᠯᠠᠨ ᠤᠯᠤᠰ ᠬᠣᠭᠤᠷᠤᠨᠳᠤ᠎ᠪᠠᠨ ᠺᠣᠮᠫᠢᠦ᠋ᠲᠧᠷ᠎ᠢᠶᠡᠷ ᠰᠢᠭᠤᠳ ᠬᠠᠷᠢᠴᠠᠬᠤ᠎ᠶᠢ ᠬᠡᠯᠡᠨ᠎ᠡ᠃ ᠣᠳᠣ ᠳᠡᠯᠡᠬᠡᠢ ᠳᠡᠭᠡᠷ᠎ᠡ ᠨᠥᠯᠦᠭᠡ᠎ᠪᠡᠷ ᠬᠠᠮᠤᠭ᠎ᠤᠨ ᠶᠡᠬᠡ᠂ ᠬᠡᠷᠡᠭᠯᠡᠭᠴᠢᠳ ᠬᠠᠮᠤᠭ᠎ᠤᠨ ᠠᠷᠪᠢᠨ᠂ ᠰᠤᠷᠠᠭ ᠵᠠᠩᠭᠢ ᠬᠠᠮᠤᠭ᠎ᠤᠨ ᠪᠠᠶᠠᠯᠢᠭ᠂ ᠣᠯᠠᠨ ᠤᠯᠤᠰ᠎ᠢ ᠰᠤᠨᠳᠠᠯᠠᠭᠰᠠᠨ ᠲᠣᠣᠷ ᠰᠦᠯᠵᠢᠶ᠎ᠡ ᠪᠣᠯ ᠢᠨᠲᠧᠷᠨᠧᠲ ᠲᠣᠣᠷ ᠪᠣᠯᠤᠨ᠎ᠠ᠃ ᠡᠨᠡ ᠲᠣᠣᠷ ᠣᠳᠣ ᠳᠡᠯᠡᠬᠡᠢ᠎ᠶᠢᠨ 100 ᠭᠠᠷᠤᠢ ᠤᠯᠤᠰ ᠣᠷᠤᠨ᠎ᠢ ᠺᠣᠮᠫᠢᠦ᠋ᠲᠧᠷ᠎ᠢᠶᠡᠷ ᠬᠣᠯᠪᠤᠵᠤ ᠲᠣᠣᠷ᠎ᠲᠤ ᠣᠷᠤᠭᠰᠠᠨ ᠡᠷᠦᠬᠡ ᠨᠢᠭᠡᠴᠢ 5 ᠳ᠋ᠦᠩᠰᠢᠭᠤᠷ ᠭᠠᠷᠤᠢ ᠪᠣᠯᠤᠭᠰᠠᠨ ᠪᠠᠢᠨ᠎ᠠ᠃

ᠬᠥᠮᠦᠰ ᠲᠣᠣᠷ ᠰᠦᠯᠵᠢᠶ᠎ᠡ᠎ᠶᠢ ᠠᠰᠢᠭᠯᠠᠵᠤ ᠲᠦᠮᠡᠨ ᠭᠠᠵᠠᠷ᠎ᠤᠨ ᠠᠯᠤᠰ᠎ᠲᠠᠬᠢ ᠨᠠᠢᠵᠠ᠎ᠨᠠᠷ᠎ᠲᠠᠢ᠎ᠪᠠᠨ « ᠰᠢᠭᠤᠳ ᠠᠭᠤᠯᠵᠠᠵᠤ » ᠰᠤᠷᠠᠭ ᠵᠠᠩᠭᠢ᠎ᠪᠠᠨ ᠰᠣᠯᠢᠯᠴᠠᠵᠤ ᠪᠣᠯᠤᠨ᠎ᠠ᠂ ᠡᠷᠳᠡᠮ ᠰᠢᠨᠵᠢᠯᠡᠭᠡᠨ᠎ᠦ ᠦᠵᠡᠯᠲᠡ᠎ᠪᠡᠨ ᠵᠥᠪᠳᠡᠯᠴᠡᠵᠦ ᠪᠣᠯᠤᠨ᠎ᠠ᠂ ᠲᠣᠣᠷ ᠰᠦᠯᠵᠢᠶ᠎ᠡ᠎ᠪᠡᠷ ᠪᠠᠰᠠ ᠡᠯ᠎ᠡ ᠵᠦᠢᠯ᠎ᠦᠨ ᠪᠠᠷᠠᠭ᠎ᠠ ᠲᠠᠸᠠᠷ ᠰᠣᠩᠭᠤᠨ ᠠᠪᠴᠤ ᠪᠣᠯᠤᠨ᠎ᠠ᠂ ᠣᠬᠢ ᠰᠠᠢᠨ ᠰᠤᠷᠭᠠᠨ ᠬᠥᠮᠦᠵᠢᠯ ᠬᠦᠷᠲᠡᠵᠦ ᠪᠣᠯᠤᠨ᠎ᠠ᠂ ᠳᠡᠯᠡᠬᠡᠢ᠎ᠶᠢᠨ ᠣᠯᠠᠨ ᠤᠯᠤᠰ᠎ᠤᠨ ᠬᠠᠮᠤᠭ᠎ᠤᠨ ᠰᠢᠯᠢᠳᠡᠭ ᠲᠣᠭᠯᠠᠯᠲᠠ᠎ᠶᠢ ᠰᠣᠨᠢᠷᠬᠠᠵᠤ ᠪᠣᠯᠤᠨ᠎ᠠ᠃

ᠲᠣᠣᠷ ᠰᠦᠯᠵᠢᠶ᠎ᠡ᠎ᠶᠢᠨ ᠠᠵᠤ ᠠᠬᠤᠢ᠎ᠳᠤ ᠦᠵᠡᠭᠦᠯᠬᠦ ᠨᠥᠯᠦᠭᠡ᠎ᠨᠢ ᠮᠠᠰᠢ ᠶᠡᠬᠡ᠎ᠶᠦᠮ᠃ ᠰᠤᠷᠠᠭ ᠵᠠᠩᠭᠢ᠎ᠶᠢᠨ ᠲᠣᠣᠷ ᠰᠦᠯᠵᠢᠶ᠎ᠡ᠎ᠪᠡᠷ ᠳᠠᠮᠵᠢᠵᠤ᠂ ᠤᠯᠤᠰ ᠣᠷᠤᠨ ᠪᠣᠯᠤᠨ ᠳᠡᠯᠡᠬᠡᠢ᠎ᠶᠢᠨ ᠠᠵᠤ ᠠᠬᠤᠢ᠎ᠶᠢᠨ ᠬᠣᠭᠤᠷᠥᠨᠳᠤ ᠬᠠᠷᠢᠯᠴᠠᠨ ᠲᠦᠰᠢᠭᠯᠡᠯᠴᠡᠵᠦ᠂ ᠬᠠᠷᠢᠯᠴᠠᠨ ᠠᠬᠢᠭᠤᠯᠵᠤ᠂ ᠬᠠᠷᠢᠯᠴᠠᠨ ᠨᠥᠯᠦᠭᠡᠯᠡᠬᠦ ᠪᠣᠯᠤᠨ᠎ᠠ᠃ ᠪᠦᠷᠢᠳᠭᠡᠯ᠎ᠢ ᠦᠨᠳᠦᠰᠦᠯᠡᠪᠡᠯ᠂ ᠣᠳᠣ ᠦᠶ᠎ᠡ᠎ᠶᠢᠨ ᠠᠵᠤ ᠠᠬᠤᠢ᠎ᠶᠢᠨ ᠬᠥᠭᠵᠢᠯᠲᠡ᠎ᠪᠠ ᠨᠡᠮᠡᠭᠳᠡᠯ᠎ᠦᠨ 40%᠎ᠨᠢ ᠰᠤᠷᠠᠭ ᠵᠠᠩᠭᠢ᠎ᠶᠢᠨ ᠠᠵᠤ ᠦᠢᠯᠡᠰ᠎ᠦᠨ ᠦᠵᠡᠭᠦᠯᠦᠭᠰᠡᠨ ᠬᠤᠪᠢ ᠨᠡᠮᠡᠷᠢ᠎ᠡᠴᠡ ᠢᠷᠡᠵᠦ ᠪᠠᠢᠨ᠎ᠠ᠃ ᠢᠷᠡᠭᠡᠳᠦᠢ᠎ᠶᠢᠨ 10 ᠵᠢᠯ᠎ᠳᠦ ᠪᠦᠬᠦ ᠳᠡᠯᠡᠬᠡᠢ᠎ᠶᠢᠨ ᠣᠯᠠᠨ ᠤᠯᠤᠰ᠎ᠤᠨ ᠠᠷᠠᠯᠵᠢᠶ᠎ᠠ᠎ᠶᠢᠨ ᠭᠤᠷᠪᠠᠨ᠎ᠤ ᠨᠢᠭᠡ᠎ᠨᠢ ᠲᠣᠣᠷ ᠰᠦᠯᠵᠢᠶ᠎ᠡ᠎ᠶᠢᠨ ᠠᠷᠠᠯᠵᠢᠶ᠎ᠠ᠎ᠶᠢᠨ ᠬᠡᠯᠪᠡᠷᠢ᠎ᠪᠡᠷ ᠪᠡᠶᠡᠯᠡᠭᠳᠡᠬᠦ ᠪᠣᠯᠤᠨ᠎ᠠ᠃ ᠡᠢᠮᠦ᠎ᠡᠴᠡ ᠲᠣᠣᠷ ᠰᠦᠯᠵᠢᠶ᠎ᠡ᠎ᠶᠢᠨ ᠠᠵᠤ ᠠᠬᠤᠢ᠎ᠨᠢ ᠯᠠᠪᠲᠠᠢ 21᠎ᠳ᠋ᠤᠭᠡᠷ ᠵᠠᠭᠤᠨ᠎ᠤ ᠠᠵᠤ ᠠᠬᠤᠢ᠎ᠶᠢᠨ ᠬᠥᠭᠵᠢᠯᠲᠡ᠎ᠶᠢᠨ ᠭᠣᠣᠯ ᠤᠷᠤᠰᠭᠠᠯ ᠪᠣᠯᠤᠨ᠎ᠠ᠃

ᠬᠥᠮᠦᠨ ᠲᠦᠷᠥᠯᠬᠢᠲᠡᠨ᠎ᠦ ᠨᠡᠢᠭᠡᠮ᠎ᠳᠦ ᠲᠣᠣᠷ ᠰᠦᠯᠵᠢᠶ᠎ᠡ᠎ᠶᠢᠨ ᠦᠵᠡᠭᠦᠯᠬᠦ ᠨᠥᠯᠦᠭᠡ ᠪᠣᠯ ᠲᠤᠢᠯ᠎ᠤᠨ ᠥᠷᠭᠡᠨ ᠳᠡᠯᠭᠡᠷ ᠪᠥᠭᠡᠳ ᠠᠯᠤᠰ ᠬᠡᠳᠦ᠎ᠶᠢᠨ ᠪᠠᠢᠳᠠᠭ᠎ᠶᠤᠮ᠃ ᠳᠡᠭᠡᠷ᠎ᠡ ᠳᠤᠷᠠᠳᠤᠭᠰᠠᠨ ᠠᠵᠤ ᠠᠬᠤᠢ᠎ᠳᠤ ᠦᠵᠡᠭᠦᠯᠬᠦ ᠨᠥᠯᠦᠭᠡ᠎ᠡᠴᠡ ᠭᠠᠳᠠᠨ᠎ᠠ ᠴᠡᠷᠢᠭ ᠳᠠᠢᠨ᠂ ᠭᠠᠳᠠᠭᠠᠳᠤ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠠᠮᠢ ᠠᠬᠤᠢ᠎ᠶᠢᠨ ᠣᠷᠴᠢᠨ ᠲᠣᠭᠤᠷᠢᠨ᠁ ᠵᠡᠷᠭᠡ᠎ᠳᠦ ᠴᠥᠮ ᠶᠠᠨᠳᠠᠰᠢ᠎ᠦᠭᠡᠢ ᠶᠡᠬᠡ ᠨᠥᠯᠦᠭᠡ ᠦᠵᠡᠭᠦᠯᠬᠦ ᠪᠣᠯᠤᠨ᠎ᠠ᠃

ᠪᠤᠴᠠᠬᠤ
ᠠᠯᠮᠠᠰ ᠺᠣᠮᠫᠠᠨᠢ
email : mongol@almas.co.jp
tel : +81-3-5688-2081
fax : +81-3-5688-2082