ᠲᠤᠰ ᠦᠭᠦᠯᠡᠯ ᠳᠤ ᠤᠷᠴᠢᠭᠤᠯᠭ᠎ᠠ ᠶᠢᠨ ᠤᠬᠠᠭᠠᠨ ᠤ ᠨᠢᠭᠡ ᠲᠦᠷᠦᠯ ᠪᠤᠯᠬᠤ ᠰᠤᠨᠢᠨ ᠮᠡᠳᠡᠭᠡᠯᠡᠯ ᠤᠨ ᠤᠷᠴᠢᠭᠤᠯᠭ᠎ᠠ ᠪᠠᠷ ᠰᠤᠳᠤᠯᠤᠭᠳᠠᠬᠤᠨ ᠢᠶᠡᠨ ᠪᠤᠯᠭᠠᠵᠤ᠂ ᠮᠤᠩᠭ᠋ᠤᠯ ᠦᠨᠳᠦᠰᠦᠲᠡᠨ ᠲᠦᠪᠯᠡᠷᠡᠨ ᠰᠠᠭᠤᠷᠢᠰᠢᠵᠤ ᠪᠠᠢ᠌ᠭ᠎ᠠ ᠤᠷᠤᠨ ᠳᠤ ᠬᠡᠪᠯᠡᠭᠳᠡᠵᠦ ᠪᠦᠬᠦᠢ 《 ᠦᠪᠦᠷ ᠮᠤᠩᠭ᠋ᠤᠯ ᠤᠨ ᠡᠳᠦᠷ ᠤᠨ ᠰᠤᠨᠢᠨ 》᠂ 《 ᠰᠢᠯᠢ ᠶᠢᠨ ᠭᠤᠤᠯ ᠤᠨ ᠡᠳᠦᠷ ᠤᠨ ᠰᠤᠨᠢᠨ 》᠂ 《 ᠤᠷᠳᠤᠰ ᠤᠨ ᠡᠳᠦᠷ ᠤᠨ ᠰᠤᠨᠢᠨ 》᠂ 《 ᠬᠦᠯᠦᠨ ᠪᠤᠢ᠌ᠷ ᠤᠨ ᠡᠳᠦᠷ ᠤᠨ ᠰᠤᠨᠢᠨ 》᠂ 《 ᠴᠠᠢ᠌ᠳᠠᠮ ᠤᠨ ᠰᠤᠨᠢᠨ 》᠂ 《 ᠲᠦᠩᠯᠢᠶᠤᠤ ᠶᠢᠨ ᠡᠳᠦᠷ ᠤᠨ ᠰᠤᠨᠢᠨ 》᠂ 《 ᠤᠯᠠᠭᠠᠨᠬᠠᠳᠠ ᠶᠢᠨ ᠡᠳᠦᠷ ᠤᠨ ᠰᠤᠨᠢᠨ 》 ᠵᠡᠷᠭᠡ ᠳᠤᠯᠤᠭᠠᠨ ᠨᠠᠮ ᠤᠨ ᠰᠥᠨᠢᠨ ᠤ ᠮᠤᠩᠭ᠋ᠤᠯ ᠬᠡᠪᠯᠡᠯ ᠤᠨ 2007 ᠤᠨ ᠤ 12 ᠳᠤᠭᠠᠷ ᠰᠠᠷ᠎ᠠ ᠬᠢᠭᠡᠳ 2008 ᠤᠨ ᠤ 1 ᠳᠤᠭᠠᠷ ᠰᠠᠷ᠎ᠠ ᠶᠢᠨ ᠳᠤᠭᠠᠷ ᠤᠳ ᠡᠴᠡ ᠭᠠᠳᠠᠭᠠᠲᠤ ᠶᠢᠨ ᠬᠦᠮᠦᠨ ᠤ ᠨᠡᠷ᠎ᠡ ᠶᠢᠨ ᠠᠪᠢᠶᠠᠴᠢᠯᠠᠭ᠎ᠠ ᠶᠢᠨ ᠪᠣᠷᠤᠭᠤ ᠪᠣᠯᠤᠨ ᠦᠭᠡ ᠦᠭᠦᠯᠡᠪᠦᠷᠢ ᠶᠢᠨ ᠪᠣᠷᠤᠭᠤ ᠣᠷᠴᠢᠭᠤᠯᠭ᠎ᠠ᠂ ᠨᠡᠷ᠎ᠡ ᠲᠣᠮᠢᠶ᠎ᠠ ᠶᠢ ᠨᠢᠭᠡᠳᠦᠯ ᠦᠭᠡᠢ ᠬᠡᠷᠡᠭᠯᠡᠵᠦ ᠪᠠᠢ᠌ᠭ᠎ᠠ ᠵᠢᠱᠢᠶ᠎ᠡ ᠨᠤᠭᠤᠳ ᠢ ᠡᠷᠢᠵᠨ ᠵᠠᠳᠠᠯᠤᠯᠲᠠ ᠬᠢᠵᠦ᠂ ᠵᠦᠪ ᠣᠷᠴᠢᠭᠤᠯᠭ᠎ᠠ ᠬᠢᠬᠦ ᠶᠢ ᠰᠠᠨᠠᠭᠠᠴᠢᠯᠠᠪᠠ᠃ ᠮᠣᠩᠭᠣᠯ ᠰᠣᠨᠢᠨ ᠳᠤ ᠣᠷᠴᠢᠭᠤᠯᠭ᠎ᠠ ᠶᠢᠨ ᠠᠭᠤᠯᠭ᠎ᠠ ᠨᠡᠯᠢᠶᠡᠳ ᠨᠢᠭᠤᠷ ᠬᠠᠭᠤᠳᠠᠰᠤ ᠡᠵᠡᠯᠡᠵᠦ ᠪᠠᠢ᠌ᠳᠠᠭ᠃ ᠲᠡᠳᠡᠭᠡᠷ ᠨᠢ ᠭᠠᠭᠴᠠ ᠬᠢᠲᠠᠳ ᠰᠣᠨᠢᠨ ᠮᠡᠳᠡᠭᠡᠯᠡᠯ ᠦᠨ ᠠᠭᠤᠯᠭ᠎ᠠ ᠪᠠᠷ ᠵᠣᠭᠰᠤᠬᠤ ᠪᠢᠰᠢ᠂ ᠭᠠᠳᠠᠭᠠᠲᠤ ᠶᠢᠨ ᠰᠣᠨᠢᠨ ᠮᠡᠳᠡᠭᠡᠯᠡᠯ ᠦᠨ ᠠᠭᠤᠯᠭ᠎ᠠ ᠴᠣ ᠨᠡᠯᠢᠶᠡᠳ ᠣᠯᠠᠨ ᠪᠠᠢ᠌ᠳᠠᠭ᠃ ᠡᠢ᠌ᠮᠦ ᠡᠴᠡ ᠣᠷᠴᠢᠭᠤᠯᠤᠭᠴᠢ ᠳᠤ ᠲᠠᠯᠪᠢᠬᠤ ᠱᠠᠭᠠᠷᠳᠠᠯᠭ᠎ᠠ ᠨᠢ ᠦᠨᠳᠦᠷ ᠮᠦᠷᠲᠡᠭᠡᠨ ᠡᠭᠦᠷᠭᠡ ᠨᠢ ᠴᠣ ᠬᠦᠨᠳᠦ ᠪᠠᠢ᠌ᠳᠠᠭ᠃ ᠣᠳᠣᠬᠠᠨ ᠳᠤ ᠰᠣᠨᠢᠨ ᠳᠡᠭᠡᠷ᠎ᠡ ᠭᠠᠳᠠᠭᠠᠲᠤ ᠶᠢᠨ ᠬᠦᠮᠦᠨ ᠦ ᠨᠡᠷ᠎ᠡ ᠶᠢ ᠪᠣᠷᠤᠭᠤ ᠠᠪᠢᠶᠠᠴᠢᠯᠠᠨ ᠲᠡᠮᠳᠡᠭᠯᠡᠬᠦ᠂ ᠦᠭᠡ ᠦᠭᠦᠯᠡᠪᠦᠷᠢ ᠶᠢ ᠪᠣᠷᠤᠭᠤ ᠣᠷᠴᠢᠭᠤᠯᠬᠤ ᠪᠠᠢ᠌ᠳᠠᠯ ᠣᠯᠠᠨ ᠣᠷᠤᠰᠢᠵᠤ᠂ ᠰᠣᠨᠢᠨ ᠤ ᠴᠢᠨᠠᠷ ᠴᠢᠨᠰᠠᠭ᠎ᠠ ᠪᠣᠯᠤᠨ ᠮᠣᠩᠭᠣᠯ ᠦᠰᠦᠭ ᠪᠢᠴᠢᠭ᠌ ᠦᠨ ᠳᠦᠷᠢᠮᠵᠢᠯ ᠢ ᠨᠥᠯᠥᠭᠡᠯᠡᠵᠦ ᠪᠠᠢ᠌ᠨ᠎ᠠ᠃ ᠲᠡᠭᠦᠨ ᠦ ᠲᠤᠬᠠᠢ ᠰᠣᠳᠤᠯᠭᠠᠨ ᠬᠢᠵᠦ᠂ ᠪᠣᠷᠤᠭᠤ ᠶᠢ ᠨᠢ ᠵᠢᠭᠠᠵᠤ ᠭᠠᠷᠭᠠᠨ᠂ ᠵᠦᠪ ᠪᠢᠴᠢᠯᠭᠡ ᠶᠢ ᠰᠠᠨᠠᠭᠠᠴᠢᠯᠠᠬᠤ ᠨᠢ ᠰᠣᠨᠢᠨ ᠤ ᠣᠷᠴᠢᠭᠤᠯᠤᠭᠴᠢᠳ ᠤᠨ ᠬᠣᠵᠢᠮ ᠤᠨ ᠠᠵᠢᠯ ᠳᠤ ᠵᠣᠬᠢᠬᠤ ᠲᠤᠰᠠ ᠪᠣᠯᠬᠤ ᠮᠠᠭᠠᠳ᠃ ᠲᠤᠰ ᠦᠭᠦᠯᠡᠯ ᠣᠷᠤᠰᠢᠯ᠂ ᠨᠢᠭᠡᠳᠦᠭᠡᠷ ᠬᠡᠰᠡᠭ᠂ ᠬᠣᠶᠠᠳᠤᠭᠠᠷ ᠬᠡᠰᠡᠭ᠂ ᠭᠤᠷᠪᠠᠳᠤᠭᠠᠷ ᠬᠡᠰᠡᠭ᠂ ᠲᠡᠭᠦᠰᠭᠡᠯ ᠭᠡᠬᠦ ᠲᠠᠪᠤᠨ ᠬᠡᠰᠡᠭ ᠢᠶᠡᠷ ᠪᠦᠷᠢᠯᠳᠦᠵᠡᠢ᠃ ᠣᠷᠤᠰᠢᠯ ᠳᠠᠭᠠᠨ ᠰᠣᠳᠤᠯᠤᠭᠳᠠᠬᠤᠨ᠂ ᠰᠣᠳᠤᠯᠭᠠᠨ ᠤ ᠪᠠᠢ᠌ᠳᠠᠯ᠂ ᠰᠣᠳᠤᠯᠭᠠᠨ ᠤ ᠵᠣᠷᠢᠯᠭ᠎ᠠ᠂ ᠰᠣᠳᠤᠯᠭᠠᠨ ᠤ ᠠᠷᠭ᠎ᠠ ᠪᠠᠨ ᠲᠤᠰᠢᠶᠠᠵᠤ᠂ ᠦᠩᠭᠡᠷᠡᠭᠰᠡᠨ ᠦ ᠰᠣᠳᠤᠯᠭᠠᠨ ᠤ ᠪᠠᠢ᠌ᠳᠠᠯ ᠢ ᠲᠠᠨᠢᠯᠴᠠᠭᠤᠯᠵᠠᠢ᠃ ᠨᠢᠭᠡᠳᠦᠭᠡᠷ ᠬᠡᠰᠡᠭ ᠳᠥ ᠰᠣᠨᠢᠨ ᠮᠡᠳᠡᠭᠡᠯᠡᠯ ᠦᠨ ᠣᠷᠴᠢᠭᠤᠯᠭ᠎ᠠ ᠶᠢᠨ ᠤᠬᠠᠭᠳᠠᠬᠤᠨ᠂ ᠱᠠᠭᠠᠷᠳᠠᠯᠭ᠎ᠠ᠂ ᠣᠨᠴᠠᠯᠢᠭ ᠤᠨ ᠲᠤᠬᠠᠢ ᠦᠪᠡᠷ ᠦᠨ ᠶᠡᠷᠦᠩᠬᠡᠢ ᠣᠢ᠌ᠯᠠᠭᠠᠯᠲᠠ ᠪᠠᠨ ᠶᠠᠷᠢᠵᠠᠢ᠃ ᠬᠣᠶᠠᠳᠤᠭᠠᠷ ᠬᠡᠰᠡᠭ ᠳᠥ ᠳᠣᠯᠤᠭᠠᠨ ᠮᠣᠩᠭᠣᠯ ᠰᠣᠨᠢᠨ ᠳᠡᠬᠢ ᠭᠠᠳᠠᠭᠠᠳᠤ ᠶᠢᠨ ᠬᠦᠮᠦᠨ ᠦ ᠨᠡᠷ᠎ᠡ ᠶᠢᠨ ᠪᠣᠷᠤᠭᠤ ᠠᠪᠢᠶᠠᠴᠢᠯᠠᠭ᠎ᠠ ᠶᠢᠨ ᠠᠷᠪᠠᠨ ᠳᠣᠯᠤᠭᠠᠨ ᠵᠢᠱᠢᠶ᠎ᠠ ᠳᠥ ᠵᠠᠳᠠᠯᠤᠯᠲᠠ ᠬᠢᠵᠦ᠂ ᠭᠠᠳᠠᠭᠠᠲᠤ ᠶᠢᠨ ᠬᠦᠮᠦᠨ ᠦ ᠨᠡᠷ᠎ᠡ ᠶᠢ ᠠᠪᠢᠶᠠᠴᠢᠯᠠᠨ ᠲᠡᠮᠳᠡᠭᠯᠡᠬᠦ ᠳᠥ ᠠᠩᠬᠠᠷᠬᠤ ᠴᠢᠬᠤᠯᠠ ᠲᠠᠢ ᠵᠦᠢᠯ ᠢ ᠳᠤᠷᠠᠳᠴᠠᠢ᠃ ᠬᠣᠶᠠᠳᠤᠭᠠᠷ ᠬᠡᠰᠡᠭ ᠳᠥ ᠭᠠᠳᠠᠭᠠᠳᠤ ᠶᠢᠨ ᠬᠦᠮᠦᠨ ᠦ ᠨᠡᠷ ᠡ ᠡᠴᠡ ᠪᠣᠰᠤᠳ ᠭᠠᠵᠠᠷ ᠤᠨ ᠨᠡᠷ᠎ᠡ ᠪᠣᠯᠤᠨ ᠲᠤᠰᠭᠠᠢ ᠨᠡᠷ᠎ᠡ ᠦᠭᠡ ᠶᠢᠨ ᠣᠷᠴᠢᠭᠤᠯᠭ᠎ᠠ ᠶᠢᠨ ᠪᠣᠷᠤᠭᠤ ᠶᠢ ᠵᠠᠳᠠᠯᠵᠠᠢ᠃ ᠭᠤᠷᠪᠠᠳᠤᠭᠠᠷ ᠬᠡᠰᠡᠭ ᠳᠥ ᠨᠡᠷ᠎ᠡ ᠲᠣᠮᠢᠶ᠎ᠠ ᠶᠢ ᠨᠢᠭᠡᠳᠦᠯ ᠦᠭᠡᠢ ᠪᠣᠶᠤ ᠪᠣᠷᠤᠭᠤ ᠬᠡᠷᠡᠭᠯᠡᠵᠦ ᠪᠠᠢ᠌ᠬᠤ᠂ ᠦᠭᠡ ᠦᠭᠦᠯᠡᠪᠦᠷᠢ ᠶᠢ ᠣᠷᠴᠢᠭᠤᠯᠤᠭᠰᠠᠨ ᠵᠢᠱᠢᠶ᠎ᠡ ᠳᠥ ᠵᠠᠳᠠᠯᠤᠯᠲᠠ ᠬᠢᠵᠡᠢ᠃ ᠲᠡᠭᠦᠰᠭᠡᠯ ᠦᠨ ᠬᠡᠰᠡᠭ ᠳᠥ ᠰᠣᠨᠢᠨ ᠮᠡᠳᠡᠭᠡᠯᠡᠯ ᠦᠨ ᠣᠷᠴᠢᠭᠤᠯᠭ᠎ᠠ ᠳᠤ ᠡᠳᠡᠭᠡᠷ ᠠᠰᠠᠭᠤᠳᠠᠯ ᠣᠷᠤᠰᠢᠵᠤ ᠪᠠᠢ᠌ᠬᠤ ᠶᠢᠨ ᠰᠢᠯᠲᠠᠭᠠᠨ ᠪᠠ ᠰᠢ᠌ᠳᠪᠦᠷᠢᠯᠡᠬᠦ ᠠᠷᠭ᠎ᠠ ᠶᠢ ᠳᠤᠷᠠᠳᠤᠨ ᠭᠠᠷᠭᠠᠵᠠᠢ᠃
«ᠢᠰᠢᠳᠣᠷᠵᠢ ᠶᠢᠨ《ᠲᠦᠪᠡᠳ ᠮᠣᠩᠭᠣᠯ ᠲᠣᠬᠢᠶᠠᠨ ᠤ ᠪᠢᠴᠢᠭ᠌ ᠦᠨ》ᠰᠣᠳᠣᠯᠣᠯ»